ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠭᠦᠢᠴᠡᠳᠭᠡᠯ ᠢ ᠭᠦᠢᠴᠡᠳᠬᠡᠬᠦ ᠶᠢ ᠠᠬᠢᠭᠤᠯᠬᠤ ᠲᠤᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠬᠢᠶ᠎ᠠ ᠪᠠᠭᠰᠢ ᠬᠤᠪᠢᠶᠠᠷᠢ ᠲᠣᠪᠴᠢᠶ᠎ᠠ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠠᠭᠤᠯᠵᠠᠬᠤ ᠦᠭᠡᠢ︾ ᠬᠢᠨᠠᠨ ᠵᠥᠪᠰᠢᠶᠡᠷᠡᠬᠦ | ᠂ ᠭᠤᠭᠴᠤᠭ᠎ᠠ ᠶᠢ ᠬᠠᠰᠤᠵᠤ ᠲᠠᠰ ᠳᠠᠷᠠᠭᠠᠯᠠᠯ ᠢ ᠬᠠᠰᠤᠬᠤ᠂ ᠲᠥᠪᠯᠡᠷᠡᠭᠦᠯᠦᠨ ᠨᠡᠶᠢᠯᠡᠭᠦᠯᠵᠦ ᠬᠢᠨᠠᠨ ᠵᠥᠪᠰᠢᠶᠡᠷᠡᠬᠦ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠢᠳᠡᠪᠬᠢᠲᠡᠢ ᠠᠬᠢᠭᠤᠯᠪᠠ᠃ 2022 ᠣᠨ ᠤ ᠳᠡᠭᠡᠷ᠎ᠡ ᠬᠠᠭᠠᠰ ᠵᠢᠯ ᠳᠤ ᠬᠢᠶ᠎ᠠ ᠪᠠᠭᠰᠢ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠭᠠᠵᠠᠷ ᠰᠢᠷᠣᠢ ᠪᠠ ᠢᠨᠵᠧᠨᠧᠷᠢᠩ ᠤᠨ ᠪᠠᠶᠢᠭᠤᠯᠤᠯᠲᠠ ᠶᠢᠨ ᠲᠦᠷᠦᠯ ᠤᠨ | ᠲᠥᠷᠥᠯ ᠵᠦᠢᠯ ᠤᠨ ᠭᠤᠶᠤᠴᠢᠯᠠᠯ ᠢ ᠨᠡᠶᠢᠲᠡ 72 ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠭᠤᠶᠤᠴᠢᠯᠠᠯ ᠤᠨ ᠬᠠᠷᠢᠴᠠᠯ 32%᠂ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ 60%᠂ ᠲᠣᠰᠣ ᠨᠡᠮᠡᠬᠦ ᠥᠷᠲᠡᠭᠡ 8% | ᠪᠣᠯᠣᠨ᠎ᠠ᠃ 6 ᠰᠠᠷ᠎ᠠ ᠶᠢᠨ ᠡᠴᠦᠰ ᠪᠣᠯᠲᠠᠯ᠎ᠠ ᠨᠢᠭᠡᠨᠲᠡ 38 ᠦᠨᠡᠮᠯᠡᠯ ᠢ ᠰᠢᠢᠳᠪᠦᠷᠢᠯᠡᠵᠦ ᠳᠠᠭᠤᠰᠬᠠᠭᠰᠠᠨ ᠪᠠ ᠣᠯᠭᠤᠵᠤ᠂ ᠨᠢᠭᠡᠨᠲᠡ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠤ 17 ᠶᠢ ᠨᠢ ᠬᠢᠨᠠᠨ ᠪᠠᠶᠢᠴᠠᠭᠠᠯᠭᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 86% ᠪᠠᠶᠢᠵᠤ᠂ | ᠬᠤᠪᠢᠶᠠᠷᠢ ᠲᠣᠪᠴᠢᠶ᠎ᠠ ᠠᠴᠠ 10 ᠶᠢ ᠨᠢ ᠬᠢᠨᠠᠨ ᠪᠠᠶᠢᠴᠠᠭᠠᠵᠤ᠂ 7 ᠶᠢ ᠨᠢ ᠪᠤᠴᠠᠭᠠᠵᠤ ᠪᠠᠶᠢᠨ᠎ᠠ᠃ ᠬᠢᠶ᠎ᠠ ᠪᠠᠭᠰᠢ ᠲᠣᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ | ᠴᠢᠨᠠᠷ ᠢᠶᠠᠨ ᠳᠡᠭᠡᠭᠰᠢᠯᠡᠭᠦᠯᠦᠨ᠂ ᠳᠣᠣᠷ᠎ᠠ ᠬᠠᠭᠠᠰ ᠵᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠪᠣᠯᠣᠨ᠎ᠠ᠃ | |