365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2023/1/19
              ᠯᠢ ᠯᠢ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠵᠥ ᠳ᠋ᠦ᠋ ᠬᠤᠶ ᠯᠢᠶᠠᠩ ᠵᠠᠩ ᠵᠠᠨ ᠯᠢᠨ ᠰᠤ᠋ ᠵᠥᠩ ᠱᠧᠩ ᠬᠤᠷᠠᠯ ᠳᠤ ᠣᠷᠣᠯᠴᠠᠪᠠ            1 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠪᠥᠬᠦ ᠬᠤᠲᠠ ᠶᠢᠨ  ᠺᠠᠳ᠋ᠷᠴᠤᠳ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ  ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ  ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠣᠷᠳᠣᠰ ᠬᠤᠲᠠ ᠶᠢᠨ  ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ  ᠲᠤᠭᠤᠰᠢᠯᠠᠭᠤᠯᠵᠥ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃            ᠯᠢ ᠯᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠠᠴᠠ ᠤᠷᠳᠤᠰ ᠬᠤᠳᠠ ᠶᠢᠨ ᠬᠥᠭᠵᠢᠯᠲᠡ ᠳᠤ  ᠶᠡᠭᠡ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ᠃ ᠪᠦᠬᠦ ᠬᠤᠳᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠦᠰᠡᠯ ᠨᠠᠶᠢᠳᠠᠯᠭ᠎ᠠ ᠶᠢ  ᠪᠠᠲᠤ ᠴᠡᠭᠡᠵᠢᠯᠡᠵᠦ᠂ ᠭᠤᠣᠯ ᠲᠤᠯᠭᠠᠭᠤᠷᠢ ᠪᠤᠯᠵᠥ ᠵᠤᠷᠢᠭᠳᠠᠢ ᠪᠠᠷ ᠲᠤᠯᠭᠠᠭᠤᠷᠢᠯᠠᠨ᠂ ᠬᠥᠭᠵᠢᠯᠲᠡ ᠶᠢ ᠲᠠᠬᠢᠨ ᠲᠦᠷᠭᠡᠳᠭᠡᠬᠦ᠂ ᠬᠤᠰᠢᠭᠤ  ᠲᠤᠭᠤᠷᠢᠭ ᠲᠠᠬᠢᠨ ᠬᠦᠴᠦᠯᠡᠬᠦ᠂ ᠠᠵᠤ ᠦᠢᠯᠡᠳᠪᠦᠷᠢ ᠶᠢᠨ ᠲᠠᠬᠢᠨ ᠬᠦᠴᠦᠯᠡᠬᠦ ᠶᠢ ᠠᠬᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ  ᠬᠦᠴᠦᠨ᠂ ᠰᠢᠨ᠎ᠡ ᠳᠠᠪᠠᠭᠤᠯᠢᠭ ᠢ ᠳᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ ︽  ᠲᠠᠭᠠᠭᠤᠯᠤᠭᠴᠢ︾ ᠪᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠣᠳᠣᠬᠠᠨ ᠤ ᠬᠠᠮᠤᠭ ᠤᠨ ᠲᠤᠯᠭᠠᠮ ᠡᠭᠦᠷᠭᠡ ᠪᠣᠯᠭᠠᠨ᠂  ᠨᠢᠭᠡᠳᠦᠭᠡᠷ ᠠᠵᠤ ᠦᠢᠯᠡᠰ ᠢ ᠲᠠᠬᠢᠨ ᠪᠥᠳᠥᠬᠡᠬᠦ᠂ ᠬᠤᠶᠠᠳᠤᠭᠠᠷ ᠠᠵᠤ ᠦᠢᠯᠡᠰ ᠢ ᠲᠡᠰ ᠳᠡᠪᠰᠢᠭᠦᠯᠬᠦ᠂ ᠭᠤᠷᠪᠠᠳᠤᠭᠠᠷ ᠠᠵᠤ ᠦᠢᠯᠡᠰ ᠢ  ᠲᠠᠬᠢᠨ ᠴᠣᠭᠴᠠᠯᠠᠬᠤ ᠶᠢ ᠲᠦᠷᠭᠡᠳᠭᠡᠵᠦ᠂ ᠠᠵᠤ ᠦᠢᠯᠡᠰ ᠤᠨ ᠪᠦᠲᠦᠴᠡ ᠶᠢ ︽ᠨᠡᠭᠦᠷᠡᠰᠦ ᠪᠠᠷ ᠭᠤᠣᠯᠯᠠᠭᠤᠯᠬᠤ︾ ᠪᠠᠶᠢᠭᠰᠠᠨ ᠠᠴᠠ ᠤᠯᠠᠨ  ᠠᠵᠤ ᠦᠢᠯᠡᠰ ᠢ ᠵᠡᠷᠭᠡ ᠪᠠᠷ ᠬᠥᠭᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠵᠠᠮ ᠢ ᠵᠤᠷᠢᠭᠳᠠᠢ ᠪᠠᠷ ᠨᠡᠬᠡᠬᠡᠵᠤ  ᠰᠠᠶᠢᠨ ︽ᠬᠤᠰᠢᠭᠤᠴᠢ ᠴᠡᠷᠢᠭ︾ ᠪᠤᠯᠵᠤ᠂ ᠬᠡᠪ ᠤᠨ ᠪᠤᠰᠤ ᠠᠷᠭ᠎ᠠ ᠬᠡᠮᠵᠢᠶ᠎ᠡ ᠪᠠᠷ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ  ᠰᠢᠨ᠎ᠡ ᠶᠢ ᠡᠭᠦᠳᠬᠦ ᠠᠵᠢᠯ ᠢ ᠰᠠᠶᠢᠲᠤᠷ ᠠᠳᠬᠤᠨ᠂ ᠰᠢᠨ᠎ᠡ ᠶᠢ ᠡᠭᠦᠳᠬᠦ ᠲᠠᠪᠴᠠᠩ᠂ ᠰᠢᠨ᠎ᠡ ᠶᠢ ᠡᠭᠦᠳᠬᠦ ᠪᠦᠯᠬᠦᠮ᠂ ᠰᠢᠨ᠎ᠡ ᠶᠢ ᠡᠭᠦᠳᠬᠦ  ᠲᠦᠷᠦᠯ ᠵᠦᠢᠯ᠂ ᠰᠢᠨ᠎ᠡ ᠶᠢ ᠡᠭᠦᠳᠬᠦ ᠮᠡᠷᠭᠡᠵᠢᠯ ᠤᠨ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠬᠡᠪ  ᠳᠠᠭᠤᠷᠢᠶᠠᠯ ᠢ ᠵᠣᠷᠢᠭᠲᠠᠢ ᠪᠠᠷ ᠡᠭᠦᠳᠤᠨ ᠰᠠᠶᠢᠨ ︽ᠳᠠᠭᠠᠭᠤᠯᠤᠭᠴᠢ︾ ᠪᠤᠯᠵᠤ᠂ ᠠᠮᠢ ᠠᠬᠤᠢ ᠶᠢᠨ ᠵᠠᠰᠠᠯᠲᠠ᠂ ᠪᠣᠯᠪᠠᠰᠤᠨ ᠬᠤᠳᠠ᠂  ᠬᠠᠮᠲᠤ ᠪᠠᠷ ᠴᠢᠨᠡᠭᠡᠯᠢᠭᠵᠢᠬᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ︽ᠤᠯᠤᠰ ᠤᠨ ᠲᠥᠷᠪᠡᠨ ᠬᠡᠪ ᠳᠠᠭᠤᠷᠢᠶᠠᠯ︾᠎ ᠢ  ᠲᠦᠷᠭᠡᠳᠬᠡᠨ ᠪᠠᠶᠢᠭᠤᠯᠵᠤ᠂ ᠬᠠᠮᠤᠭ ᠤᠨ ᠰᠢᠯᠢᠳᠡᠭ ᠠᠮᠢ ᠠᠬᠤᠢ ᠣᠷᠴᠢᠨ ᠲᠣᠭᠤᠷᠢᠨ᠂ ᠤᠶᠤᠨ ᠤ ᠰᠣᠶᠣᠯ ᠤᠨ ᠣᠷᠴᠢᠨ ᠲᠣᠭᠤᠷᠢᠨ᠂  ᠠᠮᠢᠳᠤᠷᠠᠯ ᠤᠨ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃  ᠲᠡᠷᠢᠭᠦᠨ ᠤ ᠬᠢ ᠶᠢ ᠵᠣᠷᠢᠭᠲᠠᠢ ᠪᠠᠷ ᠡᠭᠦᠳᠤᠨ ᠰᠠᠶᠢᠨ ︽ᠬᠤᠰᠢᠭᠤᠴᠢ ᠠᠩᠬᠢ︾ ᠪᠤᠯᠵᠤ᠂ ᠺᠠᠳ᠋ᠷᠴᠤᠳ ᠤᠨ ᠵᠣᠷᠢᠭᠲᠠᠢ ᠪᠠᠷ ᠠᠵᠢᠯᠯᠠᠬᠤ᠂  ᠣᠷᠣᠨ ᠨᠤᠲᠤᠭ ᠤᠨ ᠬᠢᠨ ᠵᠣᠷᠢᠭᠲᠠᠢ ᠪᠠᠷ ᠠᠵᠢᠯᠯᠠᠬᠤ᠂ ᠠᠵᠤ ᠠᠬᠤᠶᠢᠯᠠᠯ ᠤᠨ ᠬᠢᠨ ᠵᠣᠷᠢᠭᠲᠠᠢ ᠪᠠᠷ ᠠᠵᠢᠯᠯᠠᠬᠤ᠂ ᠤᠯᠠᠨ ᠲᠦᠮᠡᠨ  ᠵᠣᠷᠢᠭᠲᠠᠢ ᠪᠠᠷ ᠰᠢᠨ᠎ᠡ ᠶᠢ ᠡᠭᠦᠳᠬᠦ ᠶᠢ ᠳᠡᠮᠵᠢᠨ ᠵᠣᠷᠢᠭᠵᠢᠭᠤᠯᠵᠤ᠂ ᠬᠤᠳᠠ ᠲᠠᠶᠠᠭᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ  ᠬᠥᠭᠵᠢᠯᠲᠡ ᠶᠢ ᠠᠬᠢᠭᠤᠯᠤᠨ᠂ ᠪᠦᠯᠬᠦᠮᠳᠡᠨ ᠲᠡᠮᠡᠴᠡᠵᠤ ᠤᠷᠤᠭᠰᠢᠯᠠᠨ᠂ ᠤᠷᠳᠤᠰ ᠢ ᠦᠨᠡᠨ ᠬᠦ ᠰᠢᠨ᠎ᠡ ᠴᠠᠭ ᠦᠶ᠎ᠡ ᠶᠢᠨ ᠨᠡᠷᠡᠳᠦ ᠬᠤᠳᠠ  ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠡᠢ᠃            ᠯᠢ ᠯᠢ᠂ ᠡᠬᠢᠯᠡᠯᠲᠡ ᠨᠢ ᠪᠦᠬᠦ ᠲᠠᠯ᠎ᠠ ᠲᠠᠢ ᠬᠤᠯᠪᠣᠭᠳᠠᠵᠤ᠂ ᠡᠬᠢᠯᠡᠯᠲᠡ ᠨᠢ ᠬᠤᠶᠢᠰᠢᠳᠠ ᠶᠢᠨ ᠶᠠᠪᠤᠴᠠ ᠶᠢ ᠲᠣᠭᠲᠠᠭᠠᠳᠠᠭ᠃ ᠡᠯ᠎ᠡ  ᠬᠤᠰᠢᠭᠤ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠵᠢᠯ ᠤᠨ ᠡᠴᠦᠰ ᠵᠢᠯ ᠤᠨ ᠡᠬᠢᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂  ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ᠂  ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠵᠡᠷᠭᠡ  ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠣᠯᠠᠨ ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ ᠪᠠᠷ ᠴᠠᠭᠠᠨ  ᠰᠠᠷ᠎ᠠ ᠪᠠᠨ ᠥᠩᠭᠡᠷᠡᠭᠦᠯᠬᠦ ᠶᠢ ᠪᠠᠳᠤᠯᠠᠬᠤ ᠬᠡᠷᠡᠭᠲᠡᠶ ᠬᠡᠪᠠ᠃            ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠳ᠋ᠦ᠋ ᠬᠤᠢ ᠯᠢᠶᠠᠩ᠂ ᠵᠠᠩ ᠵᠠᠨ ᠯᠢᠨ᠂ ᠰᠤ᠋ ᠵᠥᠩ ᠱᠧᠩ ᠵᠡᠷᠭᠡ  ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠤᠲᠠ ᠶᠢᠨ ᠰᠢᠭᠦᠬᠦ ᠬᠤᠷᠢᠶᠠᠨ ᠤ ᠬᠤᠷᠢᠶᠠᠨ ᠲᠠᠷᠤᠭ᠎ᠠ᠂  ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ  ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃   
        ᠢᠷᠡᠯᠲᠡ᠄ ᠬᠤᠳᠠ ᠶᠢᠨ ᠬᠠᠮ ᠵᠠᠭᠤᠴᠢᠯᠠᠭᠤᠷ ᠤᠨ ᠲᠥᠪ