365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2023 ᠤᠨ ᠤ ᠤᠷᠳᠤᠰ ᠬᠤᠳᠠ ᠶᠢᠨ ᠬᠤᠶᠠᠷ ᠬᠤᠷᠠᠯ — ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠠᠮᠵᠢᠯᠲᠠᠲᠠᠢ ᠲᠡᠭᠦᠰᠪᠡ
        ᠨᠡᠶᠢᠲᠡᠯᠡᠭᠰᠡᠨ ᠴᠠᠭ᠄
        2023/1/5
              1 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠᠲᠠᠢ ᠭᠦᠢᠴᠡᠳᠭᠡᠬᠡᠳ  ᠬᠢᠶ᠎ᠠ ᠪᠠᠭᠰᠢ ᠲᠤᠭᠤᠷᠢᠭ ᠲᠤ ᠦᠨᠳᠦᠷᠯᠡᠪᠡ᠃          ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ  ᠬᠤᠷᠠᠯ ᠳᠤ ᠣᠷᠣᠯᠴᠠᠬᠤ ᠶᠣᠰᠣᠲᠠᠢ ᠲᠦᠯᠤᠬᠡᠯᠡᠭᠴᠢ 293 ᠬᠥᠮᠦᠨ᠂ ᠬᠤᠷᠠᠯ ᠳᠤ ᠤᠷᠤᠯᠴᠠᠭᠰᠠᠨ ᠲᠦᠯᠤᠬᠡᠯᠡᠭᠴᠢ 254 ᠬᠥᠮᠦᠨ ᠪᠠᠶᠢᠵᠤ ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ  ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠠᠩ ᠵᠠᠨ ᠯᠢᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ  ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠯᠢ᠂ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂  ᠵᠤᠤ ᠹᠸᠢ ᠯᠦ᠂ ᠯᠢ ᠰᠢᠨ ᠱᠤ᠋ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠵᠤ᠂ ᠳ᠋ᠦ᠋ ᠬᠤᠢ ᠯᠢᠶᠠᠩ᠂ ᠰᠦ᠋ ᠵᠦᠩ ᠱᠧᠩ  ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠲᠡᠷᠢᠭᠦᠯᠡᠭᠴᠢ ᠶᠢᠨ  ᠲᠠᠶᠢᠰᠠᠨ ᠳᠤ ᠰᠠᠭᠤᠪᠠ᠃           ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠶ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ  ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠰᠢᠢᠳᠪᠦᠷᠢ᠂ ᠣᠷᠳᠣᠰ ᠬᠤᠲᠠ ᠶᠢᠨ 2022  ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠤᠪᠯᠡᠭᠡ ᠶᠢ ᠬᠡᠷᠡᠭᠵᠢᠬᠦᠯᠤᠭ᠍ᠰᠡᠨ ᠪᠠᠶᠢᠳᠠᠯ ᠬᠢᠭᠡᠳ  2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠤᠪᠯᠡᠭᠡ ᠶᠢᠨ ᠲᠤᠬᠠᠶ ᠰᠢᠢᠳᠪᠦᠷᠢ᠂ ᠣᠷᠳᠣᠰ  ᠬᠤᠲᠠ ᠶᠢᠨ 2022 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ 2023 ᠣᠨ ᠤ ᠲᠥᠰᠦᠪ ᠤᠨ ᠲᠤᠬᠠᠶ ᠰᠢᠢᠳᠪᠦᠷᠢ᠂ ᠣᠷᠳᠣᠰ  ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠤᠯᠳᠠ ᠶᠢᠨ ᠲᠤᠬᠠᠶ  ᠰᠢᠢᠳᠪᠦᠷᠢ᠂ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠬᠦᠯᠤᠯᠳᠠ ᠶᠢᠨ ᠲᠤᠬᠠᠶ  ᠰᠢᠢᠳᠪᠦᠷᠢ᠂ ᠣᠷᠳᠣᠰ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ  ᠮᠡᠳᠡᠬᠦᠯᠤᠯᠳᠠ ᠶᠢᠨ ᠲᠤᠬᠠᠶ ᠰᠢᠢᠳᠪᠦᠷᠢ ᠶᠢ  ᠪᠠᠲᠤᠯᠠᠪᠠ᠃           ᠡᠯ᠎ᠡ ᠵᠥᠪᠯᠡᠬᠦ ᠵᠦᠢᠯ ᠢᠶᠠᠨ ᠳᠠᠭᠤᠰᠬᠠᠭᠰᠠᠨ ᠤ ᠳᠠᠷᠠᠭ᠎ᠠ ᠵᠠᠩ ᠵᠠᠨ ᠯᠢᠨ ᠶᠠᠷᠢᠶ᠎ᠠ ᠲᠠᠯᠪᠢᠪᠠ᠃ ᠵᠠᠩ ᠵᠠᠨ ᠯᠢᠨ᠂ ᠬᠤᠲᠠ ᠶᠢᠨ  ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠪᠣᠯ ᠬᠤᠲᠠ  ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ  ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ  ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ  ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ  ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠬᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ  ᠠᠶᠠᠨ ᠵᠠᠮ ᠳᠡᠭᠡᠷ᠎ᠡ᠂ ᠣᠷᠳᠣᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠤᠯᠤᠭᠰᠠᠨ ᠨᠢᠭᠡ  ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠬᠤᠷᠠᠯ ᠤᠨ ᠬᠤᠭᠤᠴᠠᠭᠠᠨ ᠳᠤ ᠪᠦᠬᠦ ᠲᠦᠯᠤᠬᠡᠯᠡᠭᠴᠢᠳ ᠠᠷᠠᠳ ᠲᠦᠮᠡᠨ ᠤ  ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠢᠨᠠᠮᠠᠭᠠᠢ ᠶᠠᠷᠢᠯᠴᠠᠨ ᠬᠢᠨᠠᠨ ᠵᠦᠪᠯᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ  ᠠᠷᠭ᠎ᠠ ᠤᠬᠠᠭᠠᠨ ᠭᠠᠷᠭᠠᠵᠤ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠭᠢᠯᠭᠡ᠂ ᠡᠷᠡᠰ ᠴᠢᠩᠭ᠎ᠠ ᠡᠭᠦᠷᠭᠡ ᠬᠠᠷᠢᠭᠤᠴᠠᠯᠭ᠎ᠠ  ᠪᠠ ᠡᠷᠡᠮᠡᠭᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠬᠤᠷᠠᠯ ᠠᠴᠠ ᠵᠠᠰᠠᠭ ᠤᠨ ᠣᠷᠳᠣᠨ ᠤ  ᠠᠵᠢᠯ ᠤᠨ ᠢᠯᠡᠳᠭᠡᠯ ᠵᠡᠷᠭᠡ ᠡᠯ᠎ᠡ ᠵᠦᠢᠯ ᠤᠨ ᠢᠯᠡᠳᠭᠡᠯ ᠮᠡᠳᠡᠬᠦᠯᠤᠯᠳᠠ ᠶᠢ ᠬᠢᠨᠠᠨ ᠪᠠᠶᠢᠴᠠᠭᠠᠵᠤ ᠵᠥᠪᠰᠢᠶᠡᠷᠡᠨ᠂ ᠠᠵᠢᠯᠲᠠᠨ ᠤ ᠶᠠᠪᠤᠳᠠᠯ ᠤᠨ  ᠵᠦᠢᠯᠡᠰ ᠢ ᠰᠣᠩᠭᠤᠨ ᠪᠠᠲᠤᠯᠠᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠮᠠᠨ ᠤ ᠬᠤᠲᠠ ᠶᠢᠨ ᠲᠦᠯᠤᠬᠡᠯᠡᠭᠴᠢ ᠶᠢ ᠰᠣᠩᠭᠤᠨ ᠭᠠᠷᠭᠠᠵᠤ᠂ ᠪᠥᠬᠦ ᠬᠤᠲᠠ ᠶᠢᠨ  ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠪᠠ᠃ ᠪᠦᠬᠦ ᠬᠤᠲᠠ ᠶᠢᠨ  ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠬᠦᠯᠦᠨ ᠨᠢᠭᠲᠠᠷᠠᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ  ᠤᠷᠤᠭᠰᠢᠯᠠᠬᠤ ᠶᠢ ᠤᠷᠮᠠᠰᠢᠭᠤᠯᠤᠨ ᠵᠤᠷᠢᠭᠵᠢᠭᠤᠯᠵᠤ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠬᠠᠲᠠᠭᠤ ᠴᠢᠩᠭ᠎ᠠ ᠰᠤᠷᠲᠠᠯ ᠢᠶᠠᠷ  ᠲᠡᠦᠬᠡ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ ᠪᠠᠷ ᠰᠢᠯᠢᠳᠡᠭ ᠬᠢᠷᠢ ᠪᠦᠲᠦᠮᠵᠢ ᠶᠢ ᠡᠭᠦᠳᠬᠦ ᠨᠢ ᠯᠠᠪᠲᠠᠢ ᠶᠤᠮ  ᠭᠡᠪᠡ᠃           ᠵᠠᠩ ᠵᠠᠨ ᠯᠢᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠠᠴᠠ ᠲᠤᠭᠲᠠᠭᠠᠭᠰᠠᠨ ᠡᠯ᠎ᠡ ᠵᠦᠢᠯ ᠤᠨ ᠰᠢᠢᠳᠪᠦᠷᠢᠲᠦ  ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠬᠠᠷᠠᠯᠲᠠ ᠪᠠᠨ ᠪᠠᠲᠤ ᠡᠵᠡᠮᠳᠡᠨ ᠰᠤᠯᠠᠷᠠᠭᠤᠯᠤᠯ ᠦᠭᠡᠢ ᠠᠳᠬᠤᠵᠤ᠂  ᠬᠠᠷᠢᠭᠤᠴᠠᠯᠭ᠎ᠠ ᠪᠠᠨ ᠭᠦᠢᠴᠡᠳᠭᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠣᠳᠣᠬᠢᠴᠢᠯᠠᠭᠰᠠᠨ ᠤᠷᠳᠤᠰ ᠤᠨ ᠪᠦᠳᠦᠭᠡᠨ  ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽  ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠠᠯᠢᠪᠠ ᠠᠵᠢᠯ ᠴᠥᠮ ᠨᠠᠮ ᠤᠨ ᠤᠳᠤᠷᠢᠳᠤᠯᠭ᠎ᠠ ᠳᠣᠣᠷ᠎ᠠ ᠡᠷᠡᠰ ᠤᠷᠤᠭᠰᠢᠯᠠᠬᠤ ᠶᠢ  ᠪᠠᠲᠤᠯᠠᠬᠤ ᠬᠡᠷᠡᠭᠲᠡᠢ᠃ ᠢᠮᠠᠭᠲᠠ ᠡᠮᠦᠨ᠎ᠡ ᠹᠷᠣᠨᠲ ᠲᠤ ᠵᠣᠭᠰᠣᠵᠤ᠂ ᠶᠡᠭᠡ ᠲᠠᠯ᠎ᠠ ᠶᠢᠨ ᠲᠣᠭᠤᠷᠢᠨ ᠳᠤ ᠬᠠᠷᠢᠭᠤᠴᠠᠯᠭ᠎ᠠ ᠡᠭᠦᠷᠭᠡᠯᠡᠵᠦ᠂  ᠰᠢᠨ᠎ᠡ ᠠᠶᠠᠨ ᠤ ᠠᠭᠤᠤ ᠶᠡᠭᠡ ᠦᠢᠯᠡᠳᠦᠯᠭᠡ ᠳᠤᠮᠳᠠ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠭᠡᠵᠦ᠂ ᠵᠢᠳᠬᠦᠯ ᠴᠢᠷᠮᠠᠶᠢᠯᠭ᠎ᠠ  ᠭᠠᠷᠭᠠᠬᠤ ᠬᠡᠷᠡᠭᠲᠡᠢ᠃ ᠠᠷᠠᠳ ᠤᠨ ᠲᠦᠯᠤᠬᠡ ᠭᠡᠬᠦ ᠤᠭ ᠰᠠᠨᠠᠭ᠎ᠠ ᠪᠠᠨ ᠪᠠᠲᠤ ᠰᠠᠬᠢᠵᠤ᠂ ᠠᠷᠠᠳ ᠲᠦᠮᠡᠨ ᠤ ᠬᠠᠶᠢᠷ᠎ᠠ ᠰᠡᠳᠭᠢᠯᠭᠡ ᠶᠢ  ᠵᠤᠵᠠᠭᠠᠳᠬᠠᠵᠤ᠂ ᠪᠦᠬᠦ ᠶᠠᠪᠤᠴᠠ ᠶᠢᠨ ᠠᠷᠠᠳᠴᠢᠯᠠᠯ ᠤᠨ ᠣᠷᠣᠨ ᠨᠤᠲᠤᠭ ᠤᠨ ᠦᠢᠯᠡᠳᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ  ᠥᠷᠭᠡᠳᠭᠡᠬᠦ ᠬᠡᠷᠡᠭᠲᠡᠢ᠃ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠬᠠᠤᠯᠢ ᠶᠢ  ᠬᠦᠨᠳᠦᠳᠭᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠪᠦᠬᠦ ᠨᠡᠶᠢᠭᠡᠮ ᠳᠤ ᠬᠡᠷᠡᠭᠯᠡᠬᠦ ᠶᠢ ᠠᠬᠢᠭᠤᠯᠬᠤ ᠬᠡᠷᠡᠭᠲᠡᠢ᠃  ᠪᠦᠯᠬᠦᠮᠳᠡᠨ ᠲᠠᠪᠰᠢᠬᠤ ᠶᠢ ᠪᠠᠷᠢᠮᠲᠠᠯᠠᠵᠤ᠂ ᠬᠠᠮᠲᠤ ᠪᠠᠷ ᠡᠷᠡᠮᠡᠬᠡᠶᠢᠯᠡᠨ ᠲᠡᠮᠡᠴᠡᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ  ᠪᠠᠶᠢᠭᠠᠳ ᠠᠤᠭ᠎ᠠ ᠵᠢᠷᠤᠭ ᠲᠥᠰᠦᠪ ᠢ ᠡᠷᠲᠡᠬᠡᠨ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃           ᠵᠠᠩ ᠵᠠᠨ ᠯᠢᠨ᠂ ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ  ᠪᠠᠶᠢᠩᠭᠤ ᠶᠢᠨ ᠬᠤᠷᠢᠶ᠎ᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠶᠡᠭᠡ ᠲᠠᠯ᠎ᠠ ᠶᠢᠨ  ᠲᠣᠭᠤᠷᠢᠨ ᠳᠤ ᠠᠵᠢᠯ ᠢᠶᠠᠨ ᠲᠦᠯᠤᠪᠵᠢᠬᠦᠯᠤᠨ ᠠᠬᠢᠭᠤᠯᠵᠤ᠂ ᠴᠢᠨᠠᠷ ᠰᠠᠶᠢᠲᠠᠢ ᠪᠠᠷ ᠬᠠᠤᠯᠢ ᠲᠣᠭᠲᠠᠭᠠᠬᠤ᠂ ᠥᠨᠳᠥᠷ ᠲᠦᠪᠰᠢᠨ ᠢᠶᠠᠷ  ᠲᠣᠭᠲᠠᠭᠠᠬᠤ᠂ ᠥᠨᠳᠥᠷ ᠪᠦᠲᠦᠮᠵᠢᠲᠡᠢ ᠪᠠᠷ ᠬᠢᠨᠠᠯᠲᠠ ᠲᠠᠯᠪᠢᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠲᠤᠯᠠᠬᠤ ᠬᠡᠷᠡᠭᠲᠡᠢ ᠃ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠤᠯᠤᠰ  ᠲᠥᠷᠥ ᠶᠢᠨ ᠲᠠᠯ᠎ᠠ ᠪᠠᠷ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠬᠦᠨᠳᠦᠳᠭᠡᠬᠦ᠂ ᠠᠷᠠᠳᠴᠢᠯᠠᠯ ᠢ  ᠪᠠᠳᠠᠷᠠᠭᠤᠯᠬᠤ᠂ ᠠᠵᠢᠯᠴᠢ ᠬᠢᠴᠢᠶᠡᠩᠭᠦᠶ ᠪᠠᠷ ᠬᠠᠷᠢᠭᠤᠴᠠᠯᠭ᠎ᠠ ᠪᠠᠨ ᠭᠦᠢᠴᠡᠳᠭᠡᠬᠦ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ  ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠦᠨᠳᠦᠰᠦᠨ ᠬᠠᠤᠯᠢ᠂ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ  ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠲᠤᠷ ᠡᠭᠦᠷᠭᠡᠯᠡᠬᠦ ᠬᠡᠷᠡᠭᠲᠡᠶ᠃ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ  ᠲᠦᠯᠤᠬᠡᠯᠡᠭᠴᠢᠳ ᠠᠷᠠᠳ ᠲᠦᠮᠡᠨ ᠤ ᠢᠲᠡᠭᠡᠯ ᠢ ᠨᠠᠨᠳᠢᠩᠨᠠᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠰᠡᠷᠳᠡᠬᠦᠯᠦᠯ ᠦᠭᠡᠢ ᠪᠠᠷ  ᠤᠯᠤᠰ ᠲᠦᠷᠦ ᠶᠢᠨ ᠲᠠᠯ᠎ᠠ ᠪᠠᠷ ᠬᠢ ᠮᠡᠷᠭᠡᠨ ᠬᠥᠮᠦᠨ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠠᠭᠠᠭᠤᠯᠤᠭᠴᠢ  ᠪᠠ ᠠᠷᠠᠳ ᠤᠯᠠᠨ ᠤ ᠳᠣᠲᠣᠨᠣ ᠬᠥᠮᠦᠨ ᠪᠤᠯᠵᠤ᠂ ᠥᠷᠭᠡᠨ ᠤᠯᠠᠨ ᠲᠦᠮᠡᠨ ᠤ ᠤᠶᠤᠨ ᠤᠬᠠᠭᠠᠨ ᠬᠦᠴᠦᠨ ᠴᠢᠳᠠᠯ ᠢ ᠬᠠᠮᠤᠭ ᠤᠨ ᠶᠡᠭᠡ  ᠬᠡᠮᠵᠢᠶ᠎ᠡ ᠪᠠᠷ ᠪᠦᠯᠬᠦᠮᠳᠡᠬᠦᠯᠦᠨ ᠨᠢᠭᠲᠠᠷᠠᠭᠤᠯᠵᠤ᠂ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠲᠦᠯᠤᠬᠡᠯᠡᠭᠴᠢᠳ ᠤᠨ ᠰᠢᠨ᠎ᠡ  ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠴᠤᠭ ᠵᠢᠪᠬᠤᠭ᠎ᠠ ᠪᠠ ᠲᠦᠷᠢ ᠲᠥᠷᠬᠦ ᠶᠢ ᠭᠦᠢᠴᠡᠳ  ᠢᠯᠡᠷᠡᠭᠦᠯᠬᠦ ᠬᠡᠷᠡᠭᠲᠡᠢ ᠭᠡᠪᠡ᠃           ᠵᠠᠩ ᠵᠠᠨ ᠯᠢᠨ᠂ ᠠᠯᠢᠪᠠ ᠠᠭᠤᠤ ᠶᠡᠭᠡ ᠠᠮᠵᠢᠯᠲᠠ ᠪᠣᠯ ᠴᠥᠮ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠰᠢᠨ᠎ᠡ  ᠠᠶᠠᠨ ᠤ ᠠᠭᠤᠤ ᠶᠡᠭᠡ ᠦᠢᠯᠡᠰ ᠪᠢᠳᠡᠨ ᠤ ᠪᠦᠯᠬᠦᠮᠳᠡᠨ ᠲᠡᠮᠡᠴᠡᠬᠦ ᠶᠢ ᠨᠡᠩ ᠱᠠᠭᠠᠷᠳᠠᠵᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ  ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ  ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ ᠪᠠᠷ  ᠨᠣᠶᠠᠨ ᠤᠷᠬᠢᠯ ᠳᠤ ᠠᠪᠠᠷᠢᠵᠤ᠂ ᠰᠢᠨ᠎ᠡ ᠠᠶᠠᠨ ᠳᠠᠭᠠᠨ ᠨᠡᠩ ᠶᠡᠭᠡ ᠢᠷᠠᠭᠤ ᠠᠯᠳᠠᠷ ᠢ ᠲᠡᠮᠡᠴᠡᠨ ᠣᠯᠵᠤ᠂ ᠣᠳᠣᠬᠢᠴᠢᠯᠠᠭᠰᠠᠨ ᠤᠷᠳᠤᠰ ᠢ  ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ  ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠪᠡ᠃          ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠳᠣᠯᠣᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠬᠤᠷᠠᠯ ᠳᠤ ᠰᠤᠯᠠ ᠣᠷᠣᠯᠴᠠᠪᠠ᠃ ᠰᠦᠷ ᠵᠢᠪᠬᠤᠯᠠᠩᠲᠤ  ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ  ᠲᠦᠯᠤᠬᠡᠯᠡᠭᠴᠢᠳ ᠤᠨ  ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠠᠮᠵᠢᠯᠲᠠᠲᠠᠢ ᠦᠨᠳᠦᠷᠯᠡᠪᠡ᠃
        ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ