ᠭᠢᠶ᠎ᠠ ᠪᠠᠭᠰᠢ ᠶᠢᠨ ᠮᠡᠳᠡᠭᠡ ᠴᠠᠭᠠᠨ ᠰᠠᠷ᠎ᠠ ᠶᠢᠨ ᠠᠮᠠᠷᠠᠯᠲᠠ ᠳᠤ᠂ ᠮᠠᠨ ᠤ ᠬᠤᠲᠠ ᠶᠢᠨ ᠰᠣᠶᠣᠯ ᠪᠠ ᠵᠤᠭᠠᠴᠠᠯ ᠤᠨ ᠰᠢᠰᠲ᠋ᠧᠮ ᠤᠨ ᠬᠢᠨ ᠠᠮᠤᠷ | ᠲᠦᠪᠰᠢᠨ ᠢ ᠪᠠᠲᠤᠯᠠᠬᠤ᠂ ᠲᠣᠭᠲᠠᠭᠤᠨ ᠢ ᠠᠬᠢᠭᠤᠯᠬᠤ ᠡᠯ᠎ᠡ ᠲᠦᠷᠤᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠠᠷᠠᠯᠲᠠ ᠶᠢᠨ ᠡᠳᠦᠷ ᠤᠨ | ᠰᠣᠶᠣᠯ ᠪᠠ ᠵᠤᠭᠠᠴᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠲᠥᠷᠤᠯ ᠤᠨ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠴᠠᠭᠠᠨ ᠰᠠᠷ᠎ᠠ ᠶᠢᠨ ᠵᠤᠭᠠᠴᠡᠯ᠂ ᠮᠥᠰᠥ ᠴᠠᠰᠤᠨ ᠤ ᠵᠤᠭᠠᠴᠡᠯ᠂ ᠬᠥᠳᠡᠭᠡ ᠲᠣᠰᠬᠤᠨ ᠤ ᠵᠤᠭᠠᠴᠡᠯ᠂ ᠴᠠᠭᠠᠨ ᠰᠠᠷ᠎ᠠ ᠶᠢᠨ ᠰᠣᠶᠣᠯ | ᠵᠡᠷᠭᠡ ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠰᠠᠶᠢᠲᠤᠷ ᠬᠢᠵᠦ᠂ ᠪᠠᠶᠠᠷ ᠤᠨ ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠰᠣᠶᠣᠯ ᠪᠠ ᠵᠤᠭᠠᠴᠡᠯ ᠤᠨ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠪᠠ᠃ ᠲᠥᠰᠦᠭᠡᠯᠡᠨ ᠪᠤᠳᠤᠵᠤ ᠪᠦᠷᠢᠳᠭᠡᠭᠰᠡᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ | ᠣᠷᠳᠣᠰ ᠬᠤᠲᠠ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠨᠡᠶᠢᠲᠡ 69.49 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤᠨ | ᠳᠣᠲᠣᠭᠠᠳᠤ ᠶᠢᠨ ᠵᠤᠭᠠᠴᠠᠯ ᠤᠨ ᠣᠷᠣᠯᠭ᠎ᠠ ᠶᠢ 2.42 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠡᠭᠦᠨ ᠠᠴᠠ ᠭᠠᠳᠠᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠲᠠ ᠶᠢᠨ ᠰᠣᠶᠣᠯ ᠪᠠ ᠵᠤᠭᠠᠴᠡᠯ ᠤᠨ ᠲᠣᠪᠴᠢᠶ᠎ᠠ ᠠᠴᠠ 8 ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠲᠣᠮᠢᠯᠠᠵᠤ᠂ ᠡᠯ᠎ᠡ ᠬᠤᠰᠢᠭᠤ ᠲᠤᠭᠤᠷᠢᠭ ᠲᠤ ᠤᠴᠢᠭᠤᠯᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃ ᠪᠥᠬᠦ | ᠬᠤᠲᠠ ᠶᠢᠨ ᠰᠣᠶᠣᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ 628 ᠬᠥᠮᠦᠨ ᠤᠳᠠᠭ᠎ᠠ ᠬᠥᠳᠡᠯᠤᠯᠴᠡᠨ᠂ ᠰᠣᠶᠣᠯ ᠪᠠ | ᠵᠤᠭᠠᠴᠡᠯ ᠤᠨ ᠡᠵᠡᠩᠨᠡᠯᠲᠡ ᠶᠢᠨ ᠨᠢᠭᠡᠴᠢ ᠶᠢ 239 ᠤᠳᠠᠭ᠎ᠠ ᠪᠠᠶᠢᠴᠠᠭᠠᠪᠠ᠃ | ︵ ᠰᠤᠶᠤᠯ ᠪᠡ ᠵᠤᠭᠠᠴᠡᠯ ᠤᠨ ᠲᠤᠪᠴᠢᠶ᠎ᠠ ᠡᠴᠠᠡᠭᠡ ᠪᠢᠴᠢᠭ ᠢ ᠬᠠᠨᠭ᠍ᠭᠠᠪᠡ︶ | | |