| | ᠠᠵᠤ ᠠᠬᠤᠶᠢᠯᠠᠯ ᠤᠨ ᠵᠢᠯ ᠤᠨ ᠮᠥᠩᠭᠦ ᠭᠡᠳᠡᠭ ᠨᠢ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠰᠠᠭᠤᠷᠢᠨ ᠳᠡᠭᠡᠷ᠎ᠡ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ | ᠳᠠᠭᠠᠳᠬᠠᠯ ᠤᠨ ᠲᠦᠷᠢᠮ ᠢ ᠵᠢᠭᠠᠵᠤ ᠪᠠᠶᠢᠨ᠎ᠠ᠃ | ᠠᠵᠤ ᠠᠬᠤᠶᠢᠯᠠᠯ ᠤᠨ ᠵᠢᠯ ᠤᠨ ᠮᠥᠩᠭᠦ ᠶᠢᠨ ᠰᠠᠭᠤᠷᠢ ᠮᠥᠩᠭᠦ ᠨᠢ ᠶᠠᠭᠤ ᠪᠠᠷ ᠪᠦᠷᠢᠯᠳᠦᠭᠰᠡᠨ ᠪᠤᠢ︖ | ︵ᠨᠢᠭᠡ︶ ᠠᠵᠤ ᠠᠬᠤᠶᠢᠯᠠᠯ ᠰᠦᠢᠳᠬᠡᠯ ᠲᠤᠰᠢᠶᠠᠬᠤ︔ | ︵ᠬᠤᠶᠠᠷ︶ ᠠᠵᠢᠯᠲᠠᠨ ᠠᠵᠢᠯᠴᠢᠨ ᠬᠤᠪᠢ ᠬᠥᠮᠦᠨ ᠰᠦᠢᠳᠬᠡᠯ ᠲᠤᠰᠢᠶᠠᠬᠤ︔ | ︵ᠭᠤᠷᠪᠠ︶ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠪᠠᠯᠠ ᠣᠷᠣᠭᠤᠯᠵᠤ ᠡᠵᠡᠩᠨᠡᠭᠰᠡᠨ ᠠᠰᠢᠭ ᠣᠷᠣᠯᠭ᠎ᠠ᠃ | ᠠᠵᠤ ᠠᠬᠤᠶᠢᠯᠠᠯ ᠤᠨ ᠵᠢᠯ ᠤᠨ ᠮᠥᠩᠭᠦ ᠶᠢ ᠬᠡᠷᠬᠢᠨ ᠲᠤᠰᠢᠶᠠᠬᠤ ᠪᠣᠶ︖ | ᠠᠵᠤ ᠠᠬᠤᠶᠢᠯᠠᠯ ᠤᠨ ᠲᠤᠰᠢᠶᠠᠬᠤ ᠵᠠᠷᠤᠳᠠᠯ ᠨᠢ ᠵᠢᠯ ᠪᠦᠷᠢ ᠲᠣᠰ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠶ ᠲᠣᠭᠠᠨ ᠤ 8 | % ᠠᠴᠠ ᠬᠡᠲᠦᠷᠡᠵᠦ ᠪᠣᠯᠬᠤ ᠥᠬᠡᠶ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠬᠤᠪᠢ ᠬᠥᠮᠦᠨ ᠤ ᠲᠤᠰᠢᠶᠠᠬᠤ ᠵᠠᠷᠤᠳᠠᠯ ᠨᠢ ᠨᠡᠶᠢᠲᠡ 12 % ᠠᠴᠠ | ᠬᠡᠲᠦᠷᠡᠵᠦ ᠪᠣᠯᠬᠤ ᠥᠬᠡᠶ᠂ ᠪᠣᠳᠠᠲᠠᠶ ᠬᠡᠷᠡᠭᠰᠡᠬᠦ ᠵᠠᠷᠤᠳᠠᠯ ᠢ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠲᠠᠯ᠎ᠠ ᠠᠴᠠ ᠵᠥᠪᠳᠡᠯᠴᠡᠨ ᠲᠣᠭᠲᠠᠭᠠᠨ᠎ᠠ᠃ | ᠠᠵᠤ ᠠᠬᠤᠶᠢᠯᠠᠯ ᠤᠨ ᠵᠢᠯ ᠤᠨ ᠮᠥᠩᠭᠦ ᠶᠢ ᠬᠡᠷᠬᠢᠨ ᠠᠪᠬᠤ ᠪᠣᠶ︖ | ︽ᠠᠵᠤ ᠠᠬᠤᠶᠢᠯᠠᠯ ᠤᠨ ᠵᠢᠯ ᠤᠨ ᠮᠥᠩᠭᠦ ᠶᠢᠨ ᠠᠷᠭ᠎ᠠ︾ ᠳᠤ᠂ ᠠᠵᠢᠯᠲᠠᠨ ᠠᠵᠢᠯᠴᠢᠨ ᠤᠯᠤᠰ ᠠᠴᠠ ᠲᠣᠭᠲᠠᠭᠠᠭᠰᠠᠨ ᠠᠵᠢᠯ ᠤᠨ ᠠᠮᠠᠷᠠᠯᠲᠠ ᠶᠢᠨ | ᠨᠠᠰᠤᠨ ᠳᠤ ᠬᠥᠷᠬᠦ ᠪᠤᠶᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠᠶᠢᠪᠠᠯ᠂ ᠲᠣᠰ ᠬᠥᠮᠦᠨ ᠤ ᠠᠵᠤ ᠠᠬᠤᠶᠢᠯᠠᠯ ᠤᠨ ᠵᠢᠯ ᠤᠨ ᠮᠥᠩᠭᠦ ᠶᠢᠨ | ᠬᠤᠪᠢ ᠬᠥᠮᠦᠨ ᠤ ᠲᠠᠩᠰᠠᠨ ᠡᠷᠦᠬᠡ ᠠᠴᠠ ᠰᠠᠷ᠎ᠠ ᠪᠠᠷ᠂ ᠤᠳᠠᠭ᠎ᠠ ᠪᠠᠷ ᠪᠤᠶᠤ ᠨᠢᠭᠡ ᠯᠡ ᠤᠳᠠᠭ᠎ᠠ ᠪᠠᠷ ᠠᠵᠤ ᠠᠬᠤᠶᠢᠯᠠᠯ ᠤᠨ ᠵᠢᠯ ᠤᠨ ᠮᠥᠩᠭᠦ ᠶᠢ ᠠᠪᠴᠤ | ᠪᠣᠯᠤᠨ᠎ᠠ᠂ ᠪᠠᠰᠠ ᠲᠣᠰ ᠬᠥᠮᠦᠨ ᠤ ᠠᠵᠤ ᠠᠬᠤᠶᠢᠯᠠᠯ ᠤᠨ ᠵᠢᠯ ᠤᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠪᠦᠬᠦᠨ ᠢ ᠪᠤᠶᠤ | ᠬᠡᠰᠡᠭ ᠢ ᠨᠢ ᠬᠤᠳᠠᠯᠳᠤᠭᠠᠨ ᠤ ᠨᠠᠰᠤᠵᠢᠯ ᠤᠨ ᠳᠠᠭᠠᠳᠬᠠᠯ ᠤᠨ ᠣᠶᠢᠯᠡᠳᠬᠦᠨ ᠬᠤᠳᠠᠯᠳᠤᠨ ᠠᠪᠴᠤ᠂ ᠳᠠᠭᠠᠳᠬᠠᠯ ᠤᠨ ᠭᠡᠷ᠎ᠡ ᠶᠣᠰᠣᠭᠠᠷ ᠣᠯᠭᠤᠮᠵᠢ ᠠᠪᠬᠤ ᠶᠢᠨ | ᠬᠠᠮᠲᠤ ᠵᠣᠬᠢᠬᠤ ᠥᠪ ᠵᠠᠯᠭᠠᠮᠵᠢᠯᠠᠬᠤ ᠡᠷᠬᠡ ᠶᠢ ᠭᠥᠷᠳᠡᠵᠦ ᠪᠣᠯᠤᠨ᠎ᠠ ᠭᠡᠵᠦ ᠲᠣᠭᠲᠠᠭᠠᠵᠠᠶ᠃ ᠤᠯᠤᠰ ︵ᠬᠢᠯᠢ︶ ᠠᠴᠠ ᠭᠠᠷᠴᠤ ᠰᠠᠭᠤᠷᠢᠰᠢᠭᠰᠠᠳ ᠤᠨ ᠠᠵᠤ | ᠠᠬᠤᠶᠢᠯᠠᠯ ᠤᠨ ᠵᠢᠯ ᠤᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠲᠣᠰ ᠬᠥᠮᠦᠨ ᠤ ᠱᠠᠭᠠᠷᠳᠠᠯᠭ᠎ᠠ ᠶᠢ ᠦᠨᠳᠦᠰᠦᠯᠡᠨ ᠬᠤᠪᠢ | ᠬᠥᠮᠦᠨ ᠳᠤᠨᠢ ᠨᠢᠭᠡ ᠯᠡ ᠤᠳᠠᠭ᠎ᠠ ᠳᠡᠭᠡᠷ᠎ᠡ ᠥᠭᠴᠦ ᠪᠣᠯᠤᠨ᠎ᠠ᠃ | |