| ᠮᠠᠰᠢ ᠤᠯᠠᠨ ᠲᠠᠷᠢᠶᠠᠴᠢᠨ ᠡᠷᠦᠭᠡ ᠴᠥᠮ ᠡᠪᠦᠯ ᠤᠨ ᠤᠯᠠᠷᠢᠯ ᠳᠤ ᠬᠢᠮᠢ ᠶᠢᠨ ᠪᠣᠷᠳᠣᠭᠤᠷ ᠬᠠᠳᠠᠭᠠᠯᠠᠬᠤ ᠵᠠᠩᠰᠢᠯ ᠲᠠᠢ᠂ ᠡᠪᠦᠯ ᠤᠨ ᠤᠯᠠᠷᠢᠯ ᠳᠤ ᠬᠢᠮᠢ ᠶᠢᠨ | ᠪᠣᠷᠳᠣᠭᠤᠷ ᠬᠠᠳᠠᠭᠠᠯᠠᠬᠤ ᠳᠤ ︽ᠲᠠᠪᠤ ᠶᠢ ᠰᠡᠷᠭᠡᠶᠢᠯᠡᠬᠦ︾ ᠶᠢ ᠪᠡᠶᠡᠯᠡᠭᠦᠯᠪᠡᠯ ᠪᠣᠷᠳᠣᠭᠤᠷ ᠤᠨ ᠰᠦᠢᠳᠦᠯ ᠪᠦᠷᠢᠯᠭᠡᠯᠲᠡ ᠶᠢ ᠪᠠᠭᠠᠰᠬᠠᠵᠤ ᠴᠢᠳᠠᠨ᠎ᠠ᠃ | 1. ᠨᠢᠭᠡ ᠳᠤ ᠠᠭᠤᠷᠰᠢᠬᠤ ᠶᠢ ᠰᠡᠷᠭᠡᠶᠢᠯᠡᠬᠦ ᠰᠢᠪᠲᠦᠷ ᠤᠨ ᠤᠰᠤ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ ᠨᠢ ᠡᠩ ᠤᠨ ᠳᠤᠯᠠᠭᠠᠨ ᠤ ᠳᠣᠣᠷ᠎ᠠ | ᠲᠠᠰᠤᠷᠠᠯᠲᠠ ᠦᠭᠡᠢ ᠵᠠᠳᠠᠷᠠᠳᠠᠭ᠂ ᠳᠤᠯᠠᠭᠠᠨ ᠤ ᠬᠡᠮᠵᠢᠶ᠎ᠡ ᠨᠢ ᠬᠡᠳᠦᠢ ᠥᠨᠳᠥᠷ ᠪᠣᠯ ᠵᠠᠳᠠᠷᠠᠯᠲᠠ ᠨᠢ ᠲᠡᠳᠦᠢ ᠬᠤᠷᠳᠤᠨ ᠪᠠᠶᠢᠳᠠᠭ᠃ ᠲᠠᠷᠢᠶᠠᠴᠢᠨ ᠡᠷᠦᠭᠡ ᠬᠢᠮᠢ ᠶᠢᠨ | ᠪᠣᠷᠳᠣᠭᠤᠷ ᠢ ᠬᠠᠳᠠᠭᠠᠯᠠᠬᠤ ᠳᠤ ᠪᠠᠨ ᠪᠣᠭᠤᠳᠠᠯ ᠪᠠᠭᠯᠠᠭ᠎ᠠ ᠶᠢ ᠨᠢ ᠡᠷᠬᠡᠪᠰᠢ ᠨᠢᠭᠲᠠ ᠪᠢᠲᠡᠭᠦᠮᠵᠢᠯᠡᠬᠦ ᠬᠡᠷᠡᠭᠲᠡᠢ᠃ ᠠᠽᠣᠲ ᠡᠳ᠋ ᠤᠨ ᠬᠢᠮᠢ ᠶᠢᠨ ᠪᠣᠷᠳᠣᠭᠤᠷ᠂ ᠬᠡᠳᠦ | ᠹᠣᠰᠹᠣᠷ ᠬᠦᠴᠢᠯ ᠤᠨ ᠺᠠᠯᠼ ᠢ ᠱᠦᠯᠲᠦᠯᠢᠭ ᠪᠣᠳᠠᠰ ︵ᠵᠢᠱᠢᠶᠡᠯᠡᠪᠡᠯ ᠴᠣᠬᠤᠢ᠂ ᠡᠪᠡᠰᠦ ᠮᠣᠳᠣᠨ ᠤ ᠦᠨᠡᠰᠦ᠂ ᠺᠠᠯᠼ ᠮᠠᠭᠨᠢ ᠹᠣᠰᠹᠣᠷ ᠪᠣᠷᠳᠣᠭᠤᠷ ᠵᠡᠷᠭᠡ︶ ᠲᠠᠢ | ᠬᠤᠯᠢᠵᠤ ᠣᠪᠣᠭᠠᠯᠠᠬᠤ ᠶᠢ ᠴᠢᠩᠭ᠎ᠠ ᠴᠠᠭᠠᠵᠠᠯᠠᠵᠤ᠂ ᠠᠽᠣᠲ ᠡᠳ᠋ ᠤᠨ ᠬᠢᠮᠢ ᠶᠢᠨ ᠪᠣᠷᠳᠣᠭᠤᠷ ᠤᠨ ᠠᠭᠤᠷᠰᠢᠨ ᠰᠦᠢᠳᠬᠦ ᠪᠠ ᠹᠣᠰᠹᠣᠷ ᠪᠣᠷᠳᠣᠭᠤᠷ ᠤᠨ | ᠠᠰᠢᠭᠯᠠᠮᠵᠢ ᠶᠢ ᠪᠠᠭᠤᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃ | 2. ᠬᠤᠶᠠᠷ ᠲᠤ ᠴᠢᠭᠢᠭᠲᠦᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠣᠯᠠᠩᠬᠢ ᠬᠢᠮᠢ ᠶᠢᠨ ᠪᠣᠷᠳᠣᠭᠤᠷ ᠨᠢ ᠴᠥᠮ ᠴᠢᠬᠢᠭ ᠢ ᠰᠢᠩᠭᠡᠭᠡᠬᠦ ᠴᠢᠨᠠᠷᠲᠠᠢ᠂ | ᠣᠨᠴᠠᠭᠠᠶᠢᠯᠠᠨ ᠪᠣᠷᠣᠭᠠᠨ ᠳᠤ ᠨᠣᠷᠣᠭᠳᠠᠭᠰᠠᠨ ᠤ ᠳᠠᠷᠠᠭ᠎ᠠ᠂ ᠬᠢᠮᠢ ᠶᠢᠨ ᠪᠣᠷᠳᠣᠭᠤᠷ ᠤᠨ ᠰᠢᠮ᠎ᠡ ᠲᠡᠵᠢᠭᠡᠯ ᠨᠢ ᠤᠰᠤ ᠶᠢ ᠲᠠᠭᠠᠨ ᠤᠷᠤᠰᠳᠠᠭ᠃ ᠵᠠᠷᠢᠮ ᠬᠢᠮᠢ ᠶᠢᠨ | ᠪᠣᠷᠳᠣᠭᠤᠷ ᠨᠢ ᠴᠢᠭᠢᠭᠲᠦᠭᠰᠡᠨ ᠤ ᠳᠠᠷᠠᠭ᠎ᠠ ᠭᠡᠰᠡᠭᠳᠡᠵᠦ ᠬᠠᠳᠠᠭᠤᠷᠠᠨ ᠴᠢᠨᠠᠷ ᠬᠤᠪᠢᠷᠠᠵᠤ᠂ ᠴᠢᠭᠢᠭᠲᠦᠵᠦ ᠵᠠᠳᠠᠷᠠᠳᠠᠭ᠂ ᠵᠢᠱᠢᠶᠡᠯᠡᠪᠡᠯ ᠠᠽᠣᠲ ᠬᠦᠴᠢᠯ ᠤᠨ | ᠠᠮᠮᠤᠨᠢ ᠨᠢ ᠴᠢᠭᠢᠭᠲᠦᠪᠡᠯ ᠠᠮᠠᠷᠬᠠᠨ ᠬᠡᠰᠡᠭᠯᠡᠨ᠂ ᠴᠢᠭᠢᠭᠲᠦᠵᠦ ᠵᠠᠳᠠᠷᠠᠳᠠᠭ᠂ ᠬᠡᠳᠦ ᠹᠣᠰᠹᠣᠷ ᠬᠦᠴᠢᠯ ᠤᠨ ᠺᠠᠯᠼ ᠨᠢ ᠴᠢᠭᠢᠭᠲᠦᠪᠡᠯ ᠠᠮᠠᠷᠬᠠᠨ ᠭᠡᠰᠡᠭᠳᠡᠵᠦ | ᠬᠠᠳᠠᠭᠤᠷᠠᠳᠠᠭ᠃ ᠡᠨᠡ ᠲᠦᠷᠦᠯ ᠤᠨ ᠬᠢᠮᠢ ᠶᠢᠨ ᠪᠣᠷᠳᠣᠭᠤᠷ ᠢ ᠵᠠᠪᠠᠯ ᠬᠠᠭᠤᠷᠠᠢ᠂ ᠰᠡᠷᠢᠭᠦᠨ ᠪᠥᠭᠡᠳ ᠰᠠᠯᠬᠢ ᠨᠡᠪᠲᠡᠷᠡᠬᠦ ᠭᠠᠵᠠᠷ ᠲᠤ ᠬᠠᠳᠠᠭᠠᠯᠠᠬᠤ ᠬᠡᠷᠡᠭᠲᠡᠢ᠃ | 3. ᠭᠤᠷᠪᠠ ᠳᠤ ᠢᠳᠡᠭᠳᠡᠬᠦ ᠬᠤᠤᠷᠳᠠᠬᠤ ᠶᠢ ᠰᠡᠷᠭᠡᠶᠢᠯᠡᠬᠦ ᠵᠠᠷᠢᠮ ᠬᠢᠮᠢ ᠶᠢᠨ ᠪᠣᠷᠳᠣᠭᠤᠷ ᠲᠤ ᠵᠣᠬᠢᠬᠤ ᠬᠡᠮᠵᠢᠶᠡᠨ ᠤ ᠢᠳᠡᠭᠳᠡᠭᠦᠯᠬᠦ ᠪᠣᠳᠠᠰ ᠪᠤᠶᠤ ᠬᠤᠣᠷᠲᠤ | ᠪᠣᠳᠠᠰ ᠠᠭᠤᠯᠵᠤ ᠪᠠᠶᠢᠳᠠᠭ᠂ ᠵᠢᠱᠢᠶᠡᠯᠡᠪᠡᠯ ᠬᠡᠳᠦ ᠹᠣᠰᠹᠣᠷ ᠬᠦᠴᠢᠯ ᠤᠨ ᠺᠠᠯᠼ ᠲᠤ ᠴᠢᠯᠦᠭᠡᠲᠦ ᠬᠦᠴᠢᠯ ᠠᠭᠤᠯᠵᠤ᠂ ᠢᠳᠡᠭᠳᠡᠭᠦᠯᠬᠦ ᠴᠢᠨᠠᠷ ᠢᠶᠠᠷ ᠴᠢᠩᠭ᠎ᠠ ᠪᠠᠶᠢᠳᠠᠭ | ᠃ ᠬᠡᠷᠪᠡ ᠡᠨᠡ ᠲᠦᠷᠦᠯ ᠤᠨ ᠪᠣᠷᠳᠣᠭᠤᠷ ᠢ ᠦᠷ᠎ᠡ ᠲᠠᠢ ᠬᠠᠮᠲᠤ ᠬᠠᠳᠠᠭᠠᠯᠠᠪᠠᠯ ᠦᠷ᠎ᠡ ᠶᠢᠨ ᠨᠠᠬᠢᠶᠠᠯᠠᠬᠤ ᠨᠤᠷᠮ᠎ᠠ ᠶᠢ ᠳᠣᠷᠣᠭᠰᠢᠯᠠᠭᠤᠯᠤᠨ᠎ᠠ᠃ ᠡᠨᠡ ᠲᠦᠷᠦᠯ ᠤᠨ | ᠬᠢᠮᠢ ᠶᠢᠨ ᠪᠣᠷᠳᠣᠭᠤᠷ ᠢ ᠲᠡᠮᠦᠷ ᠰᠠᠪᠠ ᠪᠤᠶᠤ ᠮᠣᠳᠣᠨ ᠰᠠᠭᠤᠯᠠᠭ᠎ᠠ ᠳᠤ ᠤᠷᠳᠤ ᠬᠤᠭᠤᠴᠠᠭ᠎ᠠ ᠪᠠᠷ ᠬᠠᠳᠠᠭᠠᠯᠠᠵᠤ ᠪᠣᠯᠬᠤ ᠦᠭᠡᠢ᠂ ᠨᠡᠩ ᠴᠤ ᠦᠷ᠎ᠡ᠂ | ᠲᠠᠷᠢᠶᠠᠯᠠᠩ ᠤᠨ ᠮᠠᠰᠢᠨ ᠪᠠᠭᠠᠵᠢ ᠵᠡᠷᠭᠡ ᠲᠠᠢ ᠬᠠᠮᠲᠤ ᠲᠠᠯᠪᠢᠵᠤ ᠪᠣᠯᠬᠤ ᠦᠭᠡᠢ᠃ | 4. ᠳᠥᠷᠪᠡ ᠳᠤ ᠲᠠᠷᠢᠶᠠᠨ ᠡᠮ ᠲᠠᠢ ᠬᠤᠯᠢᠯᠳᠤᠭᠤᠯᠤᠨ ᠲᠠᠯᠪᠢᠬᠤ ᠶᠢ ᠰᠡᠷᠭᠡᠶᠢᠯᠡᠬᠦ ᠬᠢᠮᠢ ᠶᠢᠨ ᠪᠣᠷᠳᠣᠭᠤᠷ ᠢ ᠲᠠᠷᠢᠶᠠᠨ ᠡᠮ ᠲᠠᠢ ᠬᠤᠯᠢᠯᠳᠤᠭᠤᠯᠤᠨ ᠲᠠᠯᠪᠢᠪᠠᠯ | ᠂ ᠠᠮᠠᠷᠬᠠᠨ ᠥᠪᠡᠰᠦᠪᠡᠨ ᠰᠢᠲᠠᠵᠤ ᠳᠡᠯᠪᠡᠷᠡᠳᠡᠭ᠂ ᠵᠢᠱᠢᠶᠡᠯᠡᠪᠡᠯ ᠠᠽᠣᠲ ᠬᠦᠴᠢᠯ ᠤᠨ ᠨᠠᠳ᠋ᠷᠢ᠂ ᠠᠽᠣᠲ ᠬᠦᠴᠢᠯ ᠤᠨ ᠠᠮᠮᠤᠨᠢ ᠵᠡᠷᠭᠡ ᠬᠢᠮᠢ ᠶᠢᠨ ᠪᠣᠷᠳᠣᠭᠤᠷ ᠢ | ᠨᠡᠷᠡᠨ ᠳᠤ ᠡᠭᠡᠭᠡᠬᠦ ᠪᠤᠶᠤ ᠬᠦᠨᠳᠦ ᠪᠣᠳᠠᠰ ᠲᠠᠢ ᠮᠦᠷᠬᠦᠯᠳᠦᠪᠡᠯ ᠬᠠᠯᠠᠭᠠᠳ ᠠᠮᠠᠷᠬᠠᠨ ᠥᠪᠡᠰᠦᠪᠡᠨ ᠰᠢᠳᠠᠵᠤ ᠳᠡᠯᠪᠡᠷᠡᠳᠡᠭ᠃ ᠴᠡᠶᠢᠳᠡᠮᠯᠢᠭ ᠡᠮ ᠤᠨ ᠲᠦᠷᠦᠯ ᠤᠨ | ᠲᠠᠷᠢᠶᠠᠨ ᠡᠮ ᠳᠤ ᠤᠯᠠᠨ ᠬᠡᠮᠵᠢᠶᠡᠨ ᠤ ᠪᠦᠳᠦᠭᠦᠯᠢᠭ ᠪᠧᠨ᠋ᠽᠧᠨ᠂ ᠬᠤᠶᠠᠷ ᠮᠧᠲ᠋ᠢᠯᠲᠦ ᠪᠧᠨ᠋ᠽᠧᠨ ᠵᠡᠷᠭᠡ ᠠᠮᠠᠷᠬᠠᠨ ᠠᠭᠤᠷᠰᠢᠨ ᠠᠮᠠᠷᠬᠠᠨ ᠰᠢᠲᠠᠬᠤ ᠠᠭᠤᠰᠬᠠᠭᠴᠢ | ᠠᠭᠤᠯᠤᠭᠳᠠᠵᠤ᠂ ᠭᠠᠯ ᠤᠨ ᠣᠴᠢ ᠲᠠᠢ ᠬᠦᠷᠦᠯᠴᠡᠪᠡᠯ ᠳᠠᠷᠤᠢ ᠲᠦᠷᠭᠡᠨ ᠰᠢᠲᠠᠳᠠᠭ᠃ ᠬᠡᠷᠪᠡ ᠬᠢᠮᠢ ᠶᠢᠨ ᠪᠣᠷᠳᠣᠭᠤᠷ ᠢ ᠲᠠᠷᠢᠶᠠᠨ ᠡᠮ ᠲᠠᠢ ᠬᠠᠮᠲᠤ | ᠬᠠᠳᠠᠭᠠᠯᠠᠬᠤ ᠳᠤ ᠬᠦᠷᠪᠡᠯ᠂ ᠨᠢᠭᠡ ᠲᠠᠯ᠎ᠠ ᠨᠢ ᠥᠪᠡᠰᠦᠪᠡᠨ ᠰᠢᠲᠠᠪᠠᠯ ᠨᠦᠬᠦᠭᠡ ᠲᠠᠯ᠎ᠠ ᠪᠠᠨ ᠨᠥᠯᠥᠭᠡᠯᠡᠨ᠎ᠡ᠃ | 5. ᠲᠠᠪᠤ ᠳᠤ ᠬᠤᠯᠢᠯᠳᠤᠭᠤᠯᠤᠨ ᠲᠠᠯᠪᠢᠵᠤ ᠤᠳᠠᠭᠠᠨ ᠬᠠᠳᠠᠭᠠᠯᠠᠬᠤ ᠶᠢ ᠰᠡᠷᠭᠡᠶᠢᠯᠡᠬᠦ ᠬᠢᠮᠢ ᠶᠢᠨ ᠪᠣᠷᠳᠣᠭᠤᠷ ᠤᠨ ᠲᠦᠷᠦᠯ ᠵᠦᠢᠯ ᠤᠯᠠᠨ ᠪᠥᠭᠡᠳ ᠰᠢᠨᠵᠢ | ᠴᠢᠨᠠᠷ ᠨᠢ ᠴᠦ ᠠᠳᠠᠯᠢ ᠦᠭᠡᠢ ᠪᠣᠯᠬᠤᠷ ᠬᠤᠯᠢᠯᠳᠤᠭᠤᠯᠤᠨ ᠣᠪᠣᠭᠠᠯᠠᠬᠤ ᠪᠤᠶᠤ ᠬᠤᠯᠢᠯᠳᠤᠭᠤᠯᠤᠨ ᠲᠠᠯᠪᠢᠵᠤ ᠪᠣᠯᠬᠤ ᠦᠭᠡᠢ᠃ ᠬᠠᠳᠠᠭᠠᠯᠠᠬᠤ ᠳᠤ ᠪᠠᠨ ᠬᠢᠮᠢ ᠶᠢᠨ | ᠪᠣᠷᠳᠣᠭᠤᠷ ᠤᠨ ᠭᠠᠷᠤᠯᠲᠠ ᠶᠢᠨ ᠭᠠᠵᠠᠷ᠂ ᠲᠦᠷᠦᠯ ᠵᠦᠢᠯ ᠢᠶᠠᠷ ᠨᠢ ᠲᠤᠰ ᠲᠤᠰ ᠲᠤ ᠨᠢ ᠬᠠᠳᠠᠭᠠᠯᠠᠬᠤ ᠬᠡᠷᠡᠭᠲᠡᠢ᠃ ᠬᠦᠴᠢᠯᠯᠢᠭ ᠴᠢᠨᠠᠷ ᠪᠠ ᠱᠦᠯᠲᠦᠯᠢᠭ | ᠴᠢᠨᠠᠷ ᠲᠠᠢ ᠪᠣᠷᠳᠣᠭᠤᠷ ᠢ ᠬᠠᠮᠲᠤ ᠳᠤ ᠨᠢ ᠬᠠᠳᠠᠭᠠᠯᠠᠵᠤ ᠪᠣᠯᠬᠤ ᠦᠭᠡᠢ᠂ ᠠᠽᠣᠲ ᠡᠳ᠋ ᠤᠨ ᠰᠦᠢᠳᠬᠦ ᠶᠢ ᠰᠡᠷᠭᠡᠶᠢᠯᠡᠨ᠎ᠡ︔ ᠹᠣᠰᠹᠣᠷ ᠪᠣᠷᠳᠣᠭᠤᠷ ᠢ ᠤᠳᠠᠭᠠᠨ | ᠬᠠᠳᠠᠭᠠᠯᠠᠵᠤ ᠪᠣᠯᠬᠤ ᠦᠭᠡᠢ᠂ ᠤᠴᠢᠷ ᠨᠢ ᠬᠠᠳᠠᠭᠠᠯᠠᠬᠤ ᠶᠠᠪᠤᠴᠠ ᠳᠤ ᠠᠰᠢᠭᠲᠤ ᠹᠣᠰᠹᠣᠷ ᠨᠢ ᠠᠭᠠᠵᠢᠮ ᠢᠶᠠᠷ ᠪᠠᠭᠠᠰᠳᠠᠭ︔ ᠪᠠᠺᠲ᠋ᠧᠷᠢ ᠶᠢᠨ ᠪᠣᠷᠳᠣᠭᠤᠷ ᠢ | ᠬᠠᠳᠠᠭᠠᠯᠠᠬᠤ ᠳᠤ ᠪᠠᠨ ᠬᠠᠯᠠᠭᠤᠨ ᠢ ᠰᠡᠷᠭᠡᠶᠢᠯᠡᠵᠦ᠂ ᠨᠡᠷᠡᠨ ᠳᠤ ᠰᠢᠷᠠᠭᠳᠠᠬᠤ ᠶᠢ ᠰᠡᠷᠭᠡᠶᠢᠯᠡᠬᠦ ᠬᠡᠷᠡᠭᠲᠡᠢ᠂ ᠬᠠᠮᠤᠭ ᠰᠠᠶᠢᠨ ᠨᠢ ᠬᠠᠷ᠎ᠠ ᠰᠢᠷᠳᠡᠮᠡᠯ ᠪᠥᠰ ᠤᠨ | ᠤᠭᠤᠲᠠᠨ ᠳᠤ ᠬᠢᠵᠦ᠂ ᠪᠣᠷᠳᠣᠭᠤᠷ ᠤᠨ ᠳᠣᠲᠣᠷᠠᠬᠢ ᠪᠠᠺᠲ᠋ᠧᠷᠢ ᠨᠢ ᠰᠢᠷᠠᠭᠳᠠᠵᠤ ᠦᠬᠦᠭᠡᠳ ᠦᠢᠯᠡᠳᠦᠯ ᠢᠶᠠᠨ ᠠᠯᠳᠠᠬᠤ ᠠᠴᠠ ᠰᠡᠷᠭᠡᠶᠢᠯᠡᠨ᠎ᠡ᠃ | |