| ᠭᠧᠨ ᠤ ᠥᠭᠡᠷᠡᠴᠢᠯᠡᠯᠲᠡ ᠪᠠᠷ ᠳᠡᠮᠵᠢᠨ ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠰᠢᠷ᠎ᠠ | ᠪᠤᠷᠴᠠᠭ ᠤᠨ ᠶᠠᠰᠤ ᠴᠢᠨᠠᠷ ᠢ ᠬᠤᠪᠢᠷᠠᠭᠤᠯᠬᠤ ᠦᠭᠡᠢ ᠪᠠᠶᠢᠳᠠᠯ ᠳᠣᠣᠷ᠎ᠠ ᠤᠨᠠᠯᠳᠠ ᠶᠢ ᠨᠢ ᠬᠠᠮᠤᠭ ᠤᠨ ᠠᠷᠪᠢᠨ ᠳᠤ ᠪᠠᠨ 33% ᠪᠠᠷ ᠨᠡᠮᠡᠭᠳᠡᠭᠦᠯᠵᠦ ᠪᠣᠯᠣᠨ᠎ᠠ᠃ | ᠭᠡᠷᠡᠯ ᠤᠨ ᠨᠡᠶᠢᠯᠡᠯᠭᠡ ᠶᠢᠨ ᠦᠢᠯᠡᠳᠦᠯ ᠪᠣᠯ ᠤᠷᠭᠤᠮᠠᠯ ᠭᠡᠷᠡᠯ ᠤᠨ ᠡᠨᠧᠷᠭᠢ ᠶᠢ ᠠᠰᠢᠭᠯᠠᠨ᠂ ᠤᠰᠤ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠣᠷᠭᠠᠨᠢᠭ ᠪᠣᠳᠠᠰ ᠪᠣᠯᠭᠠᠨ ᠬᠤᠪᠢᠷᠠᠭᠠᠬᠤ ᠶᠢᠨ ᠬᠠᠮᠲᠤ ᠬᠦᠴᠢᠯᠲᠥ᠋ᠷᠥᠭᠴᠢ ᠶᠢ ᠢᠯᠭᠠᠷᠠᠭᠤᠯᠬᠤ ᠶᠠᠪᠤᠴᠠ ᠶᠢ ᠵᠢᠭᠠᠵᠤ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠬᠡᠲᠦ | ᠴᠢᠩᠭ᠎ᠠ ᠬᠡᠷᠡᠯ ᠤᠨ ᠲᠤᠰᠤᠯᠲᠠ ᠲᠣᠬᠢᠶᠠᠯᠳᠤᠪᠠᠯ᠂ ᠤᠷᠭᠤᠮᠠᠯ ᠥᠪᠡᠷ ᠢ ᠪᠠᠨ ᠬᠠᠮᠠᠭᠠᠯᠠᠬᠤ ᠠᠴᠠ ᠪᠣᠯᠵᠤ ᠨᠠᠪᠴᠢᠨ ᠤ ᠰᠢᠷ᠎ᠠ ᠡᠳ᠋ ᠤᠨ ᠡᠷᠭᠢᠯᠲᠡ ᠶᠢ | ᠢᠳᠡᠪᠬᠢᠵᠢᠭᠦᠯᠵᠦ᠂ ᠡᠭᠦᠨ ᠤ ᠤᠯᠠᠮ ᠠᠴᠠ ᠨᠠᠪᠴᠢᠨ ᠤ ᠢᠯᠲᠠᠰᠤ ᠶᠢᠨ ᠢᠯᠡᠭᠦᠴᠡ ᠡᠨᠧᠷᠭᠢ ᠶᠢ ᠢᠯᠭᠠᠷᠠᠭᠤᠯᠵᠤ᠂ ᠬᠤᠷᠴᠠ ᠬᠡᠷᠡᠯ ᠤᠨ ᠬᠥᠨᠥᠭᠡᠯ ᠠᠴᠠ | ᠵᠠᠶᠢᠯᠠᠭᠤᠯᠤᠨ᠎ᠠ︔ ᠭᠡᠷᠡᠯ ᠤᠨ ᠲᠤᠰᠤᠯᠲᠠ ᠬᠠᠯᠬᠠᠯᠠᠬᠤ ᠵᠡᠷᠭᠡ ᠰᠢᠯᠲᠠᠭᠠᠨ ᠠᠴᠠ ᠪᠣᠯᠵᠤ ᠪᠠᠭᠤᠷᠠᠬᠤ ᠦᠶ᠎ᠡ ᠳᠤ᠂ ᠨᠠᠪᠴᠢᠨ ᠤ ᠰᠢᠷ᠎ᠠ ᠡᠳ᠋ ᠤᠨ ᠡᠷᠭᠢᠯᠲᠡ ᠶᠢᠨ ᠡᠨᠡ | ᠬᠦ ᠬᠠᠮᠠᠭᠠᠯᠠᠯᠲᠠ ᠶᠢᠨ ᠴᠢᠨᠠᠷᠲᠠᠢ ᠲᠣᠭᠲᠠᠴᠠ ᠨᠢ ᠳᠠᠷᠤᠢ ᠬᠠᠭᠠᠭᠳᠠᠵᠤ᠂ ᠡᠭᠦᠨ ᠤ ᠤᠯᠠᠮ ᠠᠴᠠ ᠤᠷᠭᠤᠮᠠᠯ ᠤᠨ ᠨᠠᠪᠴᠢ ᠨᠢ ᠵᠣᠬᠢᠬᠤ ᠬᠡᠮᠵᠢᠶᠡᠨ ᠤ ᠭᠡᠷᠡᠯ ᠤᠨ | ᠲᠤᠰᠤᠯᠲᠠ ᠶᠢᠨ ᠬᠦᠴᠦᠯᠡᠴᠡ ᠶᠢᠨ ᠳᠣᠣᠷ᠎ᠠ ᠭᠡᠷᠡᠯ ᠤᠨ ᠨᠡᠶᠢᠯᠡᠯᠭᠡ ᠬᠢᠳᠡᠭ᠃ ᠤᠷᠭᠤᠮᠠᠯ ᠤᠨ ᠨᠠᠪᠴᠢᠨ ᠤ ᠰᠢᠷ᠎ᠠ ᠡᠳ᠋ ᠤᠨ ᠡᠷᠭᠢᠯᠳᠡ ᠪᠠᠨ ᠬᠠᠭᠠᠬᠤ ︽ᠰᠤᠯᠢᠭᠳᠠᠯ | ︾ ᠶᠠᠪᠤᠴᠠ ᠨᠢ ᠶᠡᠷᠦ ᠳᠤ ᠪᠠᠨ ᠬᠡᠳᠦᠨ ᠮᠢᠨᠦ᠋ᠲ ᠦᠷᠭᠦᠯᠵᠢᠯᠡᠳᠡᠭ᠂ ᠲᠠᠷᠢᠮᠠᠯ ᠳᠤ ᠠᠪᠴᠤ ᠬᠡᠯᠡᠪᠡᠯ᠂ ᠡᠨᠡ ᠨᠢ ᠤᠤᠯ ᠨᠢ ᠭᠡᠷᠡᠯ ᠤᠨ ᠨᠡᠶᠢᠯᠡᠯᠭᠡ ᠶᠢᠨ | ᠦᠢᠯᠡᠳᠦᠯ ᠳᠤ ᠬᠡᠷᠡᠭᠯᠡᠬᠦ ᠴᠠᠭ ᠢ ᠰᠦᠢᠳᠬᠡᠳᠡᠭ᠃ ᠲᠠᠷᠢᠮᠠᠯ ᠤᠨ ᠪᠦᠬᠦ᠋ᠢᠯᠡ ᠤᠷᠭᠤᠯᠲᠠ ᠶᠢᠨ ᠦᠶᠡᠯᠡᠯ ᠤᠨ ᠬᠤᠭᠤᠴᠠᠭᠠᠨ ᠳᠤ᠂ ᠡᠳᠡᠭᠡᠷ ᠢᠬᠢᠷ ᠰᠢᠬᠢᠷ ︽ | ᠬᠡᠳᠦᠨ ᠮᠢᠨᠦ᠋ᠲ︾ ᠢ ᠨᠡᠶᠢᠯᠡᠭᠦᠯᠪᠡᠯ ᠪᠠᠭ᠎ᠠ ᠪᠤᠰᠤ ᠴᠠᠭ ᠬᠤᠭᠤᠴᠠᠭ᠎ᠠ ᠶᠢ ᠡᠵᠡᠯᠡᠳᠡᠭ᠃ ᠰᠢᠷ᠎ᠠ ᠪᠤᠷᠴᠠᠭ ᠲᠤ ︽VPZ︾ ᠭᠡᠭᠳᠡᠭᠰᠡᠨ ᠪᠦᠲᠦᠴᠡ ᠨᠢ ᠨᠠᠪᠴᠢᠨ ᠤ | ᠰᠢᠷ᠎ᠠ ᠡᠳ᠋ ᠤᠨ ᠡᠷᠭᠢᠯᠲᠡ ᠶᠢ ᠲᠣᠬᠢᠷᠠᠭᠤᠯᠵᠤ ᠪᠣᠯᠣᠨ᠎ᠠ᠂ ᠲᠣᠰ ᠪᠦᠲᠦᠴᠡ ᠳᠤ ᠨᠠᠪᠴᠢᠨ ᠤ ᠰᠢᠷ᠎ᠠ ᠡᠳ᠋ ᠤᠨ ᠡᠷᠭᠢᠯᠲᠡ ᠲᠠᠢ ᠬᠤᠯᠪᠣᠭᠳᠠᠯ ᠪᠦᠬᠦᠢ ᠤᠭᠤᠷᠠᠭ ᠤᠨ | ᠭᠧᠨ ᠢ 3 ᠳ᠋ᠤᠭᠠᠷᠯᠠᠵᠤ ᠪᠣᠯᠣᠨ᠎ᠠ᠃ | ᠰᠢᠷ᠎ᠠ ᠪᠤᠷᠴᠠᠭ ᠤᠨ ︽VPZ︾ ᠪᠦᠲᠦᠴᠡ ᠨᠢ ᠨᠠᠪᠴᠢᠨ ᠤ ᠰᠢᠷ᠎ᠠ ᠡᠳ᠋ ᠤᠨ ᠡᠷᠭᠢᠯᠲᠡ ᠪᠠᠨ ᠬᠠᠭᠠᠬᠤ ︽ᠰᠤᠯᠢᠭᠳᠠᠯ︾ ᠶᠠᠪᠤᠴᠠ ᠶᠢ ᠲᠦᠷᠭᠡᠳᠬᠡᠵᠦ᠂ | ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠤᠨ ᠠᠰᠢᠭᠯᠠᠮᠵᠢ ᠶᠢ ᠲᠡᠭᠡᠭᠰᠢᠯᠡᠭᠦᠯᠳᠡᠭ ᠪᠠᠶᠢᠨ᠎ᠠ᠃ ᠰᠢᠷ᠎ᠠ ᠪᠤᠷᠴᠠᠭ ᠤᠨ ᠤᠨᠠᠯᠳᠠ ᠶᠢ 20% ᠠᠴᠠ | ᠳᠡᠭᠡᠭᠰᠢ ᠨᠡᠮᠡᠭᠳᠡᠭᠦᠯᠵᠦ᠂ ᠤᠨᠠᠯᠳᠠ ᠶᠢᠨ ᠬᠡᠮᠵᠢᠶ᠎ᠡ ᠪᠠᠷ ᠬᠠᠮᠤᠭ ᠤᠨ ᠥᠨᠳᠥᠷ ᠣᠷᠣᠨ ᠪᠦᠰᠡ ᠳᠤ 33% ᠪᠠᠷ ᠨᠡᠮᠡᠭᠳᠡᠬᠦ ᠪᠥᠭᠡᠳ ᠰᠢᠷ᠎ᠠ ᠪᠤᠷᠴᠠᠭ ᠤᠨ ᠶᠠᠰᠤ | ᠴᠢᠨᠠᠷ ᠢ ᠨᠦᠯᠦᠭᠡᠯᠡᠬᠦ ᠦᠭᠡᠢ᠃ | |